︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ | ᠲᠠᠪᠴᠠᠩ 15 ᠤ ᠡᠳᠦᠷ ᠪᠡᠭᠡᠵᠢᠩ ᠤᠨ ᠶᠠᠨ ᠴᠢ ᠨᠠᠭᠤᠷ ᠤᠯᠠᠨ ᠤᠯᠤᠰ ᠤᠨ ᠬᠤᠷᠠᠯ ᠤᠨ ᠲᠦᠪ ᠲᠤ ᠲᠤᠭᠤᠷᠢᠭ ᠰᠢᠷᠡᠭᠡᠨ ᠤ | ᠲᠦᠷᠦᠬᠦᠴᠤᠳ ᠤᠨ ᠬᠤᠷᠠᠯ ᠬᠤᠷᠠᠯᠳᠤᠭᠤᠯᠪᠠ᠃ 30 ᠭᠠᠷᠤᠢ ᠤᠯᠤᠰ ᠤᠨ ᠤᠳᠤᠷᠢᠳᠬᠤ ᠬᠦᠮᠦᠨ ᠪᠤᠯᠤᠨ ᠤᠯᠠᠨ | ᠤᠯᠤᠰ ᠤᠨ ᠬᠤᠯᠪᠤᠭᠠᠳᠦ ᠪᠠᠶᠢᠭᠤᠯᠤᠯᠭᠠ᠂ ᠳᠡᠯᠡᠭᠡᠢ ᠶᠢᠨ ᠪᠠᠩᠬᠢ᠂ ᠲᠡᠯᠡᠬᠡᠢ ᠶᠢᠨ ᠵᠤᠭᠤᠰᠤᠨ ᠤ ᠰᠠᠭᠤᠷᠢ ᠮᠦᠩᠬᠦᠨ ᠤ | ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠳᠤ ᠤᠷᠤᠯᠴᠠᠵᠦ᠂ | ︽ᠤᠯᠠᠨ ᠤᠯᠤᠰ ᠤᠨ ᠬᠠᠮᠳᠤᠷᠠᠯᠴᠠᠭᠠ ᠶᠢ ᠴᠢᠩᠭᠠᠳᠬᠠᠵᠦ᠂ ︿ᠨᠢᠭᠡ ᠪᠦᠰᠡ ᠨᠢᠭᠡ ᠵᠠᠮ﹀ ᠢ ᠬᠠᠮᠳᠤ ᠪᠠᠷ ᠪᠠᠶᠢᠭᠤᠯᠵᠦ᠂ | ᠬᠠᠷᠢᠯᠴᠠᠨ ᠠᠰᠢᠬᠳᠠᠢ ᠬᠠᠮᠲᠦ ᠪᠠᠷ ᠠᠰᠢᠭ ᠬᠦᠷᠲᠡᠬᠦ ᠬᠦᠭᠵᠢᠯᠳᠠ ᠶᠢ ᠪᠡᠶᠡᠯᠡᠬᠦᠯᠬᠦ︾ ᠭᠤᠤᠯ ᠰᠡᠳᠦᠪ ᠤᠨ ᠲᠤᠭᠤᠷᠢᠨ ᠳᠤ᠂ | ᠬᠦᠭᠵᠢᠯᠳᠠ ᠶᠢᠨ ᠪᠠᠶᠢᠯᠳᠤᠬᠤ ᠪᠤᠳᠤᠯᠭᠠ ᠶᠢ ᠵᠤᠯᠭᠠᠭᠤᠯᠬᠤ᠂ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ | ᠠᠬᠢᠭᠤᠯᠬᠤ᠂ ᠰᠤᠶᠤᠯ ᠢᠷᠭᠡᠨᠰᠢᠯ ᠤᠨ ᠰᠤᠯᠢᠯᠴᠠᠭᠠ ᠶᠢ ᠠᠬᠢᠭᠤᠯᠬᠤ ᠵᠡᠷᠭᠡ ᠵᠦᠪᠯᠡᠬᠦ ᠰᠡᠳᠦᠪ ᠤᠨ ᠲᠤᠬᠠᠢ ᠰᠠᠨᠠᠯ ᠢᠶᠠᠨ | ᠰᠤᠯᠢᠯᠴᠠᠵᠦ᠂ ᠦᠷᠭᠡᠨ ᠲᠡᠯᠭᠡᠷ ᠬᠠᠮᠳᠦ ᠶᠢᠨ ᠲᠠᠨᠢᠯᠳᠠ ᠲᠠᠢ ᠪᠤᠯᠬᠤ ᠶᠢᠨ ᠵᠡᠷᠭᠡᠪᠡᠷ ᠬᠠᠮᠳᠤᠷᠠᠭᠰᠠᠨ ᠠᠯᠪᠡᠨ ᠮᠡᠳᠡᠭᠡ ᠶᠢ | ᠪᠠᠳᠤᠯᠠᠵᠠᠢ᠃ | ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠢ ᠡᠷᠬᠢᠯᠡᠪᠡ᠃ ᠵᠠᠩ ᠭᠤᠤ ᠯᠢ | ᠤᠷᠤᠯᠴᠠᠵᠠᠢ᠃ ᠠᠭᠤᠯᠠ ᠤᠰᠤᠨᠠ ᠬᠦᠷᠢᠶᠡᠯᠡᠭᠳᠡᠭᠰᠡᠨ ᠵᠤᠨ ᠤ ᠡᠬᠢᠨ ᠤ ᠶᠠᠨ ᠴᠢ ᠨᠠᠭᠤᠷ ᠤᠨ ᠬᠦᠪᠡᠭᠡ ᠪᠠᠷ ᠠᠮᠢᠵᠢᠷᠠᠯ ᠤᠨ | ᠬᠦᠴᠦᠨ ᠪᠢᠯᠬᠠᠵᠦ᠂ ᠦᠩᠭᠡ ᠶᠢᠨ ᠴᠡᠴᠡᠭ ᠪᠠᠳᠠᠷᠠᠨ ᠳᠡᠯᠭᠡᠷᠡᠨᠠ᠃ ᠡᠷᠳᠡᠨ ᠤ ᠲᠤᠷᠭᠠᠨ ᠵᠠᠮ ᠬᠦ᠋ᠭᠵᠢᠨ ᠪᠠᠳᠠᠷᠠᠭᠰᠠᠨ ᠴᠠᠭ | ᠦᠶᠠ ᠶᠢᠨ ᠳᠤᠮᠳᠠᠳᠤ ᠤᠯᠤᠰ ᠤᠨ ᠬᠠᠨ ᠤᠯᠤᠰ ᠲᠠᠩ ᠤᠯᠤᠰ ᠤᠨ ᠦᠶᠠ ᠶᠢᠨ ᠪᠠᠷᠢᠯᠭᠠ ᠶᠢᠨ ᠤᠨᠴᠠᠯᠢᠭ ᠢᠶᠠᠷ ᠵᠢᠷᠤᠭ | ᠲᠦᠯᠦᠪᠯᠡᠭᠡ ᠶᠢᠨ ᠤᠡᠭᠭᠤᠳ ᠪᠤᠯᠭᠠᠭᠰᠠᠨ ᠶᠠᠨ ᠴᠢ ᠨᠠᠭᠤᠷ ᠤᠯᠠᠨ ᠤᠯᠤᠰ ᠤᠨ ᠬᠤᠷᠠᠯ ᠤᠨ ᠲᠦᠪ ᠶᠠᠭ ᠵᠢᠭᠦᠷ | ᠲᠠᠯᠠᠪᠴᠢ ᠪᠠᠨ ᠳᠡᠯᠭᠡᠭᠰᠡᠨ ᠬᠤᠨ ᠰᠢᠬ ᠭᠤᠶᠢᠳᠠᠬᠠᠨ᠃ ᠦᠳᠡ ᠶᠢᠨ ᠡᠮᠦᠨᠡᠬᠢ 9 ᠴᠠᠭ 40 ᠮᠢᠨᠦ᠋ᠲ ᠤᠨ ᠦᠶᠠ ᠪᠠᠷ᠂ | ᠬᠤᠷᠠᠯ ᠳᠤ ᠤᠷᠤᠯᠴᠠᠬᠤ ᠤᠳᠤᠷᠢᠳᠬᠤ ᠬᠦᠮᠦᠨ ᠪᠠ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ | ᠤᠷᠢᠳ ᠬᠤᠵᠢᠳ ᠬᠦᠷᠦᠯᠴᠡᠨ ᠢᠷᠡᠵᠡᠭᠡᠪᠡ᠃ ᠰᠢ ᠶᠢᠨ ᠫᠢᠩ ᠶᠡᠭᠡ ᠲᠠᠩᠬᠢᠮ ᠳᠤ ᠬᠠᠯᠠᠭᠤᠮᠰᠤᠭ ᠢᠶᠠᠷ ᠤᠭᠳᠤᠵᠦ᠂ | ᠳᠡᠳᠡᠨ ᠲᠠᠢ ᠨᠢᠭᠡᠳ ᠨᠢᠭᠡ ᠪᠠᠷ ᠭᠠᠷ ᠠᠳᠬᠤᠪᠠ᠃ ᠦᠳᠡ ᠶᠢᠨ ᠡᠮᠦᠨᠡᠬᠢ 10 ᠴᠠᠭ ᠲᠤ᠂ ᠰᠢ ᠶᠢᠨ ᠫᠢᠩ ᠮᠤᠳᠤᠨ | ᠲᠤᠬᠢᠭᠤᠷ ᠢ ᠲᠤᠭᠰᠢᠵᠦ᠂ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠡᠬᠢᠯᠡᠭᠰᠡᠨ ᠢ ᠵᠠᠷᠯᠠᠪᠠ᠃ | ᠰᠢ ᠶᠢᠨ ᠫᠢᠩ ᠬᠤᠷᠠᠯ ᠡᠬᠢᠯᠡᠬᠦ ᠦᠭᠡ ᠳᠡᠭᠡᠨ᠂ ᠡᠯᠠ ᠤᠯᠤᠰ ᠬᠠᠷᠢᠯᠴᠠᠨ ᠲᠦᠰᠢᠯᠴᠡᠨ ᠤᠷᠤᠰᠢᠵᠦ᠂ ᠪᠦᠬᠦ | ᠪᠦᠮᠪᠦᠷᠴᠡᠭ ᠤᠨ ᠴᠢᠨᠠᠷᠳᠠᠢ ᠦᠷᠢᠰᠦᠯᠳᠦᠭᠡᠨ ᠵᠠᠯᠭᠠ ᠵᠠᠯᠭᠠᠪᠡᠷ ᠲᠤᠯᠭᠠᠷᠠᠵᠦ ᠪᠠᠶᠢᠬᠤ ᠦᠨᠦᠳᠦᠷ᠂ ᠡᠯᠠ ᠤᠯᠤᠰ ᠤᠨ ᠬᠢᠨ | ᠲᠤᠰ ᠲᠤᠰ ᠤᠨ ᠢᠶᠠᠨ ᠲᠦᠷᠦ ᠶᠢᠨ ᠪᠤᠳᠤᠯᠭᠠ ᠶᠢ ᠵᠤᠯᠭᠠᠭᠤᠯᠵᠦ᠂ ᠪᠦᠬᠦ ᠪᠦᠮᠪᠦᠷᠴᠡᠭ ᠤᠨ ᠨᠡᠩ ᠶᠡᠭᠡ ᠭᠡᠪᠴᠢᠶᠠᠨ ᠳᠤ ᠠᠵᠤ | ᠠᠬᠤᠢ ᠶᠢᠨ ᠡᠯᠧᠮᠧᠨ᠋ᠲ ᠪᠠ ᠬᠦᠭᠵᠢᠯᠳᠠ ᠶᠢᠨ ᠡᠬᠢ ᠪᠠᠶᠠᠯᠢᠭ ᠢ ᠨᠡᠶᠢᠳᠭᠡᠪᠡᠯ ᠰᠠᠶ᠋ᠢ ᠬᠠᠮᠳᠤᠷᠠᠯ ᠬᠦᠴᠦᠨ ᠢ ᠪᠦᠷᠢᠯᠳᠦᠬᠦᠯᠵᠦ᠂ | ᠳᠡᠯᠡᠭᠡᠢ ᠶᠢᠨ ᠡᠩᠭᠡ ᠲᠠᠶᠢᠪᠤᠩ ᠠᠮᠤᠷ ᠲᠤᠭᠳᠠᠭᠤᠨ ᠪᠠ ᠬᠠᠮᠳᠦ ᠶᠢᠨ ᠬᠦᠭᠵᠢᠯᠳᠠ ᠶᠢ ᠠᠬᠢᠭᠤᠯᠵᠦ ᠴᠢᠳᠠᠨᠠ᠃ ︽ᠨᠢᠭᠡ ᠪᠦᠰᠡ | ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠪᠤᠯ ᠮᠢᠨᠤ 2013 ᠤᠨ ᠳᠤ ᠳᠤᠷᠠᠳᠤᠭᠰᠠᠨ ᠰᠠᠨᠠᠭᠠᠴᠢᠯᠠᠭᠠ ᠮᠦᠨ᠃ | ᠲᠡᠬᠦᠨ ᠤ ᠭᠤᠤᠯᠯᠠᠬᠴᠢ ᠠᠭᠤᠯᠭᠠ ᠪᠤᠯ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠪᠠ ᠲᠡᠭᠦᠨ ᠤ ᠬᠠᠷᠢᠯᠴᠠᠨ | ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠵᠦ᠂ ᠡᠯᠠ ᠤᠯᠤᠰ ᠤᠨ ᠲᠦᠷᠦ ᠶᠢᠨ ᠪᠤᠳᠤᠯᠭᠠ ᠪᠠ ᠬᠦᠭᠵᠢᠯᠳᠠ ᠶᠢᠨ | ᠪᠠᠶᠢᠯᠳᠤᠬᠤ ᠪᠤᠳᠤᠯᠭᠠ ᠶᠢ ᠵᠤᠯᠭᠠᠭᠤᠯᠵᠦ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠ ᠶᠢ ᠬᠦᠨᠵᠡᠭᠡᠶᠢᠷᠡᠬᠦᠯᠵᠦ᠂ ᠵᠤᠬᠢᠴᠠᠯᠳᠤᠨ | ᠬᠤᠯᠪᠤᠯᠳᠤᠬᠤ ᠬᠦᠭᠵᠢᠯᠳᠠ ᠶᠢ ᠠᠬᠢᠭᠤᠯᠵᠦ᠂ ᠬᠠᠮᠳᠤ ᠶᠢᠨ ᠬᠦᠭᠵᠢᠯ ᠪᠠᠳᠠᠷᠠᠯ ᠢ ᠪᠡᠶᠡᠯᠡᠬᠦᠯᠬᠦ ᠪᠤᠯᠤᠨᠠ᠃ ︽ᠨᠢᠬᠡ ᠪᠦᠰᠡ | ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠨᠢ ᠳᠡᠤᠬᠡ ᠠᠴᠠ ᠦᠨᠳᠦᠰᠦᠯᠡᠭᠰᠡᠨ ᠪᠤᠯᠪᠠᠴᠤ᠂ ᠢᠷᠡᠬᠡᠳᠦᠢ ᠳᠤ ᠬᠠᠨᠳᠤᠵᠦ | ᠪᠠᠶᠢᠭᠠ ᠶᠤᠮ︔ ︽ᠨᠢᠬᠡ ᠪᠦᠰᠡ ᠨᠢᠬᠡ ᠵᠡᠮ︾ ᠨᠢ ᠳᠤᠮᠳᠠᠳᠤ ᠤᠯᠤᠰ ᠠᠴᠠ ᠡᠬᠦᠰᠦᠭᠰᠡᠨ ᠪᠤᠯᠪᠠᠴᠤ᠂ ᠳᠡᠷᠡ ᠨᠢ ᠪᠦᠬᠦ | ᠳᠡᠯᠡᠬᠡᠢ ᠳᠤ ᠬᠠᠷᠢᠶᠠᠯᠠᠭᠳᠠᠬᠤ ᠶᠤᠮ᠃ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢᠨ ᠤᠯᠠᠠ ᠤᠯᠤᠰ ᠤᠨ | ᠬᠠᠮᠲᠤᠷᠠᠯᠴᠠᠭᠠᠠ ᠤ ᠪᠦᠲᠦᠭᠦᠪᠴᠢ ᠵᠠᠬᠪᠤᠷ ᠤᠨ ᠲᠤᠲᠤᠷᠠ᠂ ᠲᠡᠯᠡᠭᠡᠢ ᠶᠢᠨ ᠠᠵᠦ ᠠᠬᠤᠢ ᠳᠤ ᠲᠤᠯᠭᠠᠷᠠᠵᠦ ᠪᠠᠶᠢᠭᠠ | ᠦᠷᠢᠰᠦᠯᠲᠦᠭᠡᠡ ᠢ ᠭᠠᠷ ᠬᠤᠯᠪᠤᠠ ᠠᠷᠭᠠᠴᠠᠵᠦ᠂ ᠬᠦᠭᠵᠢᠯᠲᠠ ᠶᠢᠨ ᠰᠢᠨᠠ ᠠᠵᠠ ᠲᠤᠬᠢᠶᠠᠯ ᠢ ᠡᠭᠦᠳᠴᠤ᠂ ᠬᠦᠭᠵᠢᠯᠲᠠ ᠶᠢᠨ | ᠰᠢᠨᠠ ᠬᠦᠲᠡᠯᠭᠡᠬᠦ ᠬᠦᠴᠤᠨ ᠢ ᠡᠷᠢᠯᠬᠢᠯᠡᠵᠦ᠂ ᠬᠦᠭᠵᠢᠯᠲᠠ ᠶᠢᠨ ᠰᠢᠨᠠ ᠤᠷᠤᠠ ᠵᠠᠢ ᠶᠢ ᠦᠷᠭᠡᠳᠭᠡᠡ᠂ ᠲᠠᠪᠠᠭᠤᠯᠢᠭ ᠢᠶᠠᠷ ᠢᠶᠠᠨ | ᠬᠠᠷᠢᠯᠴᠠᠠ ᠨᠦᠬᠦᠪᠦᠷᠢᠯᠡᠬᠦ᠂ ᠬᠠᠷᠢᠯᠴᠠᠠ ᠠᠰᠢᠠᠠᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠬᠦᠮᠦᠨ | ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠴᠢᠭᠯᠡᠯ ᠲᠡᠰᠢ ᠲᠠᠰᠤᠷᠠᠯᠲᠠ ᠦᠭᠡᠢ ᠤᠷᠤᠭᠰᠢᠯᠠᠶᠠ᠃ | ᠰᠠᠨᠠᠭᠠᠴᠢᠯᠠᠭᠠ ᠶᠢ ᠳᠤᠷᠠᠳᠤᠭᠰᠠᠨ ᠤ ᠳᠠᠷᠠᠭᠠ᠂ ᠳᠡᠯᠡᠭᠡᠢ ᠨᠡᠶᠢᠭᠡᠮ ᠤᠨ ᠢᠳᠡᠪᠬᠢᠳᠠᠢ ᠲᠤᠰᠬᠠᠯ ᠪᠠ ᠦᠷᠭᠡᠨ ᠬᠡᠪᠴᠢᠶᠠᠨ ᠤ | ᠳᠡᠮᠵᠢᠯᠭᠡ ᠶᠢ ᠤᠯᠵᠠᠢ ᠬᠡᠵᠦ ᠵᠢᠭᠠᠵᠦ ᠭᠠᠷᠭᠠᠪᠠ᠃ ᠰᠢ ᠶᠢᠨ ᠫᠢᠩ᠂ ᠲᠤᠮᠲᠠᠲᠤ ᠶᠢᠨ ᠲᠠᠯᠠ ᠡᠨᠡ ᠤᠲᠠᠭᠠ ᠶᠢᠨ | ᠲᠦᠷᠦᠭᠦᠴᠤᠳ ᠤᠨ ᠶᠠᠷᠢᠶᠠᠠ ᠤ ᠲᠠᠪᠴᠠᠩ ᠢ ᠭᠤᠤᠯᠯᠠᠠ ᠡᠷᠬᠢᠯᠡᠬᠦ ᠪᠠᠷ ᠰᠠᠨᠠᠭᠠᠴᠢᠯᠠᠭᠰᠠᠠ ᠵᠤᠷᠢᠯᠭᠠ ᠪᠤᠯ ᠲᠠᠷᠤᠢ | ᠬᠠᠮᠲᠤᠷᠠᠯᠴᠠᠭᠠᠠ ᠤ ᠶᠡᠭᠡ ᠪᠤᠲᠤᠯᠭᠠ ᠶᠢ ᠬᠠᠮᠲᠤ ᠪᠠᠷ ᠵᠦᠪᠲᠡᠵᠦ᠂ ᠬᠠᠮᠲᠤᠷᠠᠯᠴᠠᠭᠠᠠ ᠤ ᠲᠠᠪᠴᠠᠩ ᠢ ᠬᠠᠮᠲᠤ ᠪᠠᠷ ᠪᠠᠶᠢᠭᠤᠯᠵᠦ᠂ | ᠬᠠᠮᠲᠤᠷᠠᠯᠴᠠᠭᠠ ᠶᠢᠨ ᠦᠷᠡ ᠪᠦᠲᠦᠮᠵᠢ ᠶᠢ ᠬᠠᠮᠲᠤ ᠪᠠᠷ ᠡᠳ᠋ᠯᠡᠵᠦ᠂ ︽ᠨᠢᠭᠡ ᠪᠦᠰᠡ ᠨᠢᠭᠡ ᠵᠠᠮ︾ ᠤᠨ ᠪᠦᠲᠦᠭᠡᠡ | ᠪᠠᠶᠢᠭᠤᠯᠤᠯᠲᠠ ᠪᠠᠷ ᠡᠯᠠ ᠤᠯᠤᠰ ᠤᠨ ᠠᠷᠠᠳ ᠲᠦᠮᠡᠡ ᠳᠤ ᠨᠡᠩ ᠰᠠᠶᠢᠠ ᠪᠤᠶᠠᠠ ᠦᠢᠯᠡᠳᠭᠦ ᠶᠢᠨ ᠲᠦᠯᠦᠭᠡ ᠶᠤᠮ᠃ | ᠲᠤᠭᠤᠷᠢᠭ ᠰᠢᠷᠡᠭᠡᠡ ᠤ ᠲᠦᠷᠦᠭᠦᠴᠤᠳ ᠤᠨ ᠬᠤᠷᠠᠯ ᠢᠶᠠᠷ ᠲᠠᠮᠵᠢᠭᠤᠯᠵᠦ᠂ ᠬᠠᠮᠲᠤ ᠶᠢᠨ ᠲᠠᠨᠢᠯᠲᠠ ᠪᠠᠨ ᠴᠢᠨᠠᠭᠰᠢᠲᠠ | ᠨᠢᠭᠲᠠᠷᠠᠭᠤᠯᠤᠨ᠂ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢᠨ ᠤᠯᠠᠠ ᠤᠯᠤᠰ ᠤᠨ ᠬᠠᠮᠲᠤᠷᠠᠯᠴᠠᠭᠠ ᠳᠤ | ᠴᠢᠭᠯᠡᠯ ᠢ ᠵᠢᠭᠠᠠ᠂ ᠠᠯᠤᠰ ᠤᠨ ᠲᠦᠯᠦᠪ ᠢ ᠵᠢᠷᠤᠭᠯᠠᠬᠤ ᠶᠢ ᠬᠦᠰᠡᠨᠠ ᠭᠡᠵᠦ ᠵᠢᠭᠠᠵᠦ ᠭᠠᠷᠭᠠᠵᠠᠢ᠃ ᠰᠢ ᠶᠢᠨ ᠫᠢᠩ᠂ ᠪᠢᠳᠡ | ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠶᠢ ᠠᠬᠢᠭᠤᠯᠵᠦ᠂ ᠬᠠᠮᠳᠤᠷᠠᠯᠴᠠᠭᠠᠨ ᠤ ᠴᠢᠭᠯᠡᠯ ᠢ ᠲᠤᠭᠳᠠᠭᠠᠵᠦ᠂ | ᠬᠠᠨᠢᠳᠠᠨ ᠤ ᠵᠤᠷᠢᠭ ᠰᠠᠨᠠᠭᠠ ᠪᠠᠷ ᠬᠠᠮᠳᠤ ᠪᠠᠷ ᠵᠦᠪᠳᠡᠯᠴᠡᠭᠦ᠂ ᠬᠠᠮᠳᠤ ᠪᠠᠷ ᠪᠠᠶᠢᠭᠤᠯᠬᠤ᠂ ᠬᠠᠮᠳᠤ ᠪᠠᠷ ᠡᠳ᠋ᠯᠡᠭᠦ ᠶᠢ ᠪᠠᠳᠤ | ᠪᠠᠷᠢᠮᠳᠠᠯᠠᠵᠤ᠂ ᠲᠦᠷᠦ ᠶᠢᠨ ᠪᠤᠳᠤᠯᠭᠠ ᠶᠢᠨ ᠨᠡᠪᠲᠡᠷᠡᠯᠴᠡᠭᠡ᠂ ᠰᠠᠭᠤᠷᠢ ᠲᠦᠭᠦᠭᠡᠷᠦᠮᠵᠢ ᠶᠢᠨ ᠬᠤᠯᠪᠤᠯᠳᠤᠯ᠂ ᠠᠷᠠᠯᠵᠢᠶᠡ ᠶᠢ | ᠰᠠᠭᠠᠳ ᠦᠭᠡᠢ ᠨᠡᠪᠳᠡᠷᠡᠭᠦᠯᠭᠦ᠂ ᠮᠦᠩᠭᠦᠨ ᠭᠦᠢᠯᠭᠡᠭᠡᠨ ᠤ ᠠᠭᠤᠰᠤᠯᠴᠠᠨ ᠨᠡᠪᠳᠡᠷᠡᠯᠴᠡᠬᠦ᠂ ᠠᠷᠠᠳ ᠤᠨ ᠰᠡᠳᠬᠢᠯ ᠢ ᠬᠠᠷᠢᠯᠴᠡᠨ | ᠨᠡᠪᠳᠡᠷᠡᠯᠴᠡᠬᠦᠯᠬᠦ ᠪᠠᠷ ᠬᠠᠮᠳᠤ ᠪᠠᠷ ᠴᠢᠷᠮᠠᠶᠢᠬᠤ ᠬᠠᠷᠠᠯᠳᠡ ᠪᠤᠯᠭᠠᠵᠦ᠂ ᠨᠡᠭᠡᠭᠡᠯᠳᠡ ᠶᠢᠨ ᠲᠤᠮᠳᠡ ᠬᠠᠮᠳᠤᠷᠠᠯᠴᠠᠬᠤ ᠶᠢ | ᠪᠠᠷᠢᠮᠳᠠᠯᠠᠵᠤ᠂ ᠬᠠᠮᠳᠤᠷᠠᠯᠴᠠᠬᠤ ᠶᠢᠨ ᠲᠤᠮᠳᠠ ᠬᠠᠮᠳᠤ ᠪᠠᠷ ᠠᠰᠢᠭ ᠭᠦᠷᠳᠡᠵᠤ᠂ ᠦᠭᠡ ᠵᠤᠯᠭᠠᠯᠴᠠᠭᠠ ᠪᠠᠷ ᠵᠦᠷᠢᠯᠳᠦᠭᠡᠨ ᠢ | ᠰᠢᠢᠳᠪᠦᠷᠢᠯᠡᠵᠤ᠂ ᠵᠦᠪᠳᠡᠯᠴᠡᠵᠤ ᠪᠠᠶᠢᠭᠠᠳ ᠵᠢᠭᠤᠷᠠᠯᠳᠤᠭᠠᠨ ᠢ ᠰᠢᠢᠳᠪᠦᠷᠢᠯᠡᠵᠤ᠂ ᠬᠠᠮᠳᠤ ᠪᠠᠷ ᠭᠠᠵᠠᠷ ᠤᠷᠤᠨ ᠤ | ᠲᠤᠭᠳᠠᠭᠤᠨ ᠢ ᠬᠠᠮᠠᠭᠠᠯᠠᠬᠤ ᠶᠢ ᠪᠠᠷᠢᠮᠳᠠᠯᠠᠶᠠ᠃ ᠪᠢᠳᠡ ᠡᠷᠬᠡᠪᠰᠢ ᠳᠦᠷᠦ ᠶᠢᠨ ᠪᠤᠳᠤᠯᠭᠠ ᠶᠢᠨ ᠵᠤᠯᠭᠠᠯᠴᠠᠭᠠ ᠶᠢ | ᠨᠢᠬᠳᠠᠷᠠᠭᠤᠯᠵᠦ᠂ ᠬᠦᠭᠵᠢᠯᠳᠡ ᠶᠢᠨ ᠪᠠᠶᠢᠯᠳᠤᠬᠤ ᠪᠤᠳᠤᠯᠭᠠ ᠶᠢ ᠵᠤᠯᠭᠠᠯᠴᠠᠭᠤᠯᠬᠤ ᠬᠡᠷᠡᠭᠳᠡᠢ᠃ ︽ᠨᠢᠬᠡ ᠪᠦᠰᠡ ᠨᠢᠬᠡ | ᠵᠠᠮ︾ ᠤᠨ ᠪᠦᠳᠦᠬᠡᠨ ᠪᠠᠶᠢᠭᠤᠯᠤᠯᠳᠠ ᠶᠢᠨ ᠬᠠᠮᠳᠤᠷᠠᠯᠴᠠᠭᠠ ᠶᠢ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭᠠ ᠶᠢᠨ | 2030 ᠤᠨ ᠤ ᠦᠷᠬᠦᠯᠵᠢᠯᠡᠬᠦ ᠬᠦᠭᠵᠢᠯᠳᠡ ᠶᠢᠨ ᠵᠦᠪᠯᠡᠬᠦ ᠵᠦᠢᠯ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ | ᠬᠦᠮᠦᠰ ᠤᠨ ᠬᠠᠩᠵᠸᠦ ᠳᠠᠬᠢ ᠳᠦᠷᠦᠬᠦᠴᠤᠳ ᠤᠨ ᠬᠤᠷᠠᠯ ᠤᠨ ᠠᠮᠵᠢᠯᠳᠠ ᠪᠦᠳᠦᠮᠵᠢ ᠲᠠᠢ ᠤᠶᠠᠯᠳᠤᠭᠤᠯᠵᠦ᠂ ᠤᠷᠤᠨ | ᠪᠦᠰᠡ ᠶᠢᠨ ᠬᠦᠭᠵᠢᠯᠳᠡ ᠶᠢᠨ ᠳᠦᠯᠦᠪᠯᠡᠭᠡ ᠯᠦᠭᠡ ᠵᠤᠯᠭᠠᠯᠴᠠᠭᠤᠯᠵᠦ᠂ ᠬᠠᠮᠢᠶᠠ ᠪᠦᠬᠦᠢ ᠤᠯᠤᠰ ᠤᠨ ᠳᠤᠷᠠᠳᠤᠬᠰᠠᠨ | ᠬᠦᠭᠵᠢᠯᠳᠡ ᠶᠢᠨ ᠳᠦᠯᠦᠪᠵᠢᠬᠦᠯᠬᠡ ᠯᠦᠭᠡ ᠵᠤᠬᠢᠴᠠᠭᠤᠯᠵᠦ᠂ ︽ᠨᠢᠬᠡ ᠳᠡᠬᠡᠷᠡ ᠨᠢᠬᠡ ᠨᠡᠮᠡᠪᠡᠯ ᠬᠤᠶᠠᠷ ᠠᠴᠠ ᠶᠡᠭᠡ ᠪᠤᠯᠬᠤ︾ | ᠦᠷᠠ ᠪᠦᠳᠦᠮᠵᠢ ᠶᠢ ᠭᠠᠷᠭᠠᠶᠠ᠃ ᠪᠢᠳᠠ ᠳᠦᠷᠦᠯ ᠵᠦᠢᠯ ᠢᠶᠠᠷ ᠠᠬᠢᠭᠤᠯᠬᠤ ᠳᠤ ᠳᠦᠰᠢᠭᠯᠡᠨ᠂ ᠰᠠᠭᠤᠷᠢ ᠳᠦᠬᠦᠬᠡᠷᠦᠮᠵᠢ ᠶᠢᠨ | ᠨᠡᠪᠳᠡᠷᠡᠯᠴᠡᠭᠡ᠂ ᠪᠤᠳᠠᠳᠤ ᠴᠤᠭᠴᠠ ᠶᠢᠨ ᠠᠵᠦ ᠠᠬᠤᠢ ᠶᠢᠨ ᠬᠠᠮᠳᠤᠷᠠᠯᠴᠠᠭᠠ᠂ ᠠᠵᠦ ᠠᠬᠤᠢ ᠪᠤᠯᠤᠨ ᠪᠡᠯᠡ | ᠤᠷᠤᠭᠤᠯᠤᠯᠳᠠ ᠶᠢᠨ ᠴᠢᠯᠦᠬᠡᠳᠠᠢ ᠪᠠᠶᠢᠬᠤ ᠪᠠ ᠲᠦᠬᠦᠮᠴᠢᠯᠡᠯᠳᠠ᠂ ᠮᠦᠩᠬᠦᠨ ᠬᠦᠢᠯᠬᠡᠬᠡᠨ ᠤ ᠬᠠᠮᠳᠤᠷᠠᠯᠴᠠᠭᠠ᠂ ᠠᠷᠠᠳ ᠤᠨ | ᠰᠡᠳᠬᠢᠯ ᠤᠨ ᠨᠡᠪᠳᠡᠷᠡᠯᠴᠡᠬᠦ ᠵᠡᠷᠬᠡ ᠳᠠᠯᠠ ᠪᠠᠷ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠ ᠶᠢ ᠬᠦᠨᠵᠡᠬᠡᠶᠢᠷᠡᠬᠦᠯᠦᠶᠠ ᠭᠡᠵᠦ | ᠴᠢᠬᠤᠯᠠᠴᠢᠯᠠᠪᠠ᠃ ᠳᠠᠷᠠᠭᠠ ᠨᠢ ᠨᠢᠬᠡᠳᠦᠬᠡᠷ ᠱᠠᠳᠤᠨ ᠤ ᠬᠤᠷᠠᠯ᠂ ᠦᠳᠡ ᠶᠢᠨ ᠳᠠᠶᠢᠯᠠᠯᠭᠠ᠂ ᠬᠤᠶᠠᠳᠤᠭᠠᠷ ᠱᠠᠳᠤᠨ ᠤ | ᠬᠤᠷᠠᠯ ᠢ ᠶᠠᠪᠤᠭᠳᠠᠭᠤᠯᠪᠠ᠃ ᠬᠤᠷᠠᠯ ᠳᠤ ᠤᠷᠤᠯᠴᠠᠬᠰᠠᠨ ᠤᠳᠤᠷᠢᠳᠬᠤ ᠬᠦᠮᠦᠰ ᠳᠤᠰᠪᠤᠷᠢ ︽ᠳᠦᠷᠦ ᠶᠢᠨ ᠪᠤᠳᠤᠯᠭᠠ ᠪᠠ | ᠬᠦᠭᠵᠢᠯᠲᠡ ᠶᠢᠨ ᠪᠠᠶᠢᠯᠳᠤᠬᠤ ᠪᠤᠳᠤᠯᠭᠠ ᠶᠢᠨ ᠵᠤᠯᠭᠠᠯᠴᠠᠭᠠ ᠶᠢ ᠴᠢᠩᠭᠠᠳᠬᠠᠵᠤ᠂ ᠬᠠᠨᠢᠳᠠᠨ ᠤ ᠬᠠᠷᠢᠴᠠᠭᠠ ᠶᠢ | ᠬᠦᠨᠵᠡᠬᠡᠶᠢᠷᠡᠬᠦᠯᠬᠦ︾᠂ ︽ᠰᠤᠶᠤᠯ ᠢᠷᠬᠡᠨᠰᠢᠯ ᠤᠨ ᠰᠤᠯᠢᠯᠴᠠᠭᠠ ᠬᠠᠮᠳᠤᠷᠠᠯᠴᠠᠭᠠ ᠶᠢ ᠠᠬᠢᠭᠤᠯᠬᠤ︾᠂ ︽ᠬᠠᠷᠢᠯᠴᠠᠨ | ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠳᠠᠯᠠ ᠪᠠᠷ ᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠ ᠶᠢ ᠠᠬᠢᠭᠤᠯᠵᠦ᠂ | ᠬᠠᠷᠢᠯᠴᠠᠨ ᠬᠤᠯᠪᠤᠯᠳᠤᠨ ᠬᠦᠭᠵᠢᠬᠦ ᠶᠢ ᠪᠠᠶᠠᠯᠠᠬᠦᠯᠬᠦ︾ ᠰᠡᠳᠦᠪ ᠤᠨ ᠳᠤᠭᠤᠷᠢᠨ ᠳᠤ ᠦᠷᠬᠡᠨ ᠬᠦᠨᠵᠡᠬᠡᠢ ᠰᠠᠨᠠᠯ ᠢᠶᠠᠨ | ᠰᠤᠯᠢᠯᠴᠠᠵᠦ᠂ ᠴᠢᠬᠤᠯᠠ ᠬᠠᠮᠳᠤ ᠶᠢᠨ ᠳᠠᠨᠢᠯᠳᠠ ᠲᠠᠢ ᠪᠤᠯᠵᠠᠢ᠃ ᠡᠯᠠ ᠳᠠᠯᠠ ᠶᠢᠨ ᠬᠢᠨ ︽ᠨᠢᠬᠡ ᠪᠦᠰᠡ ᠨᠢᠬᠡ ᠵᠠᠮ︾ ᠤᠨ | ᠪᠦᠳᠦᠬᠡᠨ ᠪᠠᠶᠢᠭᠤᠯᠤᠯᠳᠠ ᠶᠢᠨ ᠴᠢᠬᠤᠯᠠ ᠠᠴᠢ ᠬᠤᠯᠪᠤᠬᠳᠠᠯ ᠢ ᠴᠢᠬᠤᠯᠠᠴᠢᠯᠠᠵᠦ᠂ ᠬᠠᠮᠳᠤᠷᠠᠯᠴᠠᠭᠠ ᠬᠢᠬᠦ ᠶᠢ ᠨᠡᠩ ᠦᠨᠳᠦᠷ | ᠳᠦᠪᠰᠢᠨ᠂ ᠨᠡᠩ ᠶᠡᠭᠡ ᠬᠡᠪᠴᠢᠶᠠ᠂ ᠨᠡᠩ ᠬᠦᠨ ᠳᠠᠪᠬᠤᠷᠭᠠ ᠳᠡᠰᠢ ᠠᠬᠢᠭᠤᠯᠬᠤ ᠶᠢ ᠬᠦᠰᠡᠪᠡ︔ ᠬᠤᠷᠸᠠ ᠠᠵᠦ ᠠᠬᠤᠢ ᠶᠢᠨ | ᠳᠦᠷᠦ ᠶᠢᠨ ᠪᠤᠳᠤᠯᠭᠠ ᠶᠢᠨ ᠵᠤᠬᠢᠴᠠᠭᠤᠯᠭᠠ ᠶᠢ ᠴᠢᠩᠭᠠᠳᠬᠠᠵᠦ᠂ ᠰᠠᠶᠢᠨ ᠰᠠᠶᠢᠬᠠᠨ ᠤᠯᠠᠨ ᠤᠯᠤᠰ ᠤᠨ ᠤᠷᠴᠢᠨ | ᠳᠤᠭᠤᠷᠢᠨ ᠢ ᠪᠤᠢ ᠪᠤᠯᠭᠠᠬᠤ ᠶᠢ ᠵᠦᠪᠰᠢᠶᠡᠷᠡᠪᠡ︔ ᠬᠦᠭᠵᠢᠯᠳᠡ ᠶᠢᠨ ᠪᠠᠶᠢᠯᠳᠤᠬᠤ ᠪᠤᠳᠤᠯᠭᠠ ᠪᠠᠨ ᠵᠤᠯᠭᠠᠭᠤᠯᠬᠤ ᠶᠢ ᠪᠤᠳᠠᠳᠠᠢ | ᠨᠠᠶᠢᠳᠠᠪᠤᠷᠢᠵᠢᠭᠤᠯᠵᠦ᠂ ᠡᠯᠠ ᠤᠯᠤᠰ ᠤᠨ ᠳᠦᠯᠦᠪᠵᠢᠬᠦᠯᠬᠡ ᠬᠠᠷᠢᠯᠴᠠᠨ ᠵᠤᠯᠭᠠᠯᠴᠠᠬᠤ᠂ ᠬᠦᠭᠵᠢᠯᠳᠡ ᠬᠠᠷᠢᠯᠴᠠᠨ | ᠠᠭᠤᠰᠤᠯᠴᠠᠬᠤ᠂ ᠠᠰᠢᠬ ᠳᠤᠰᠠ ᠶᠢ ᠬᠠᠮᠳᠤ ᠪᠠᠷ ᠡᠳ᠋ᠯᠡᠬᠦ ᠪᠠᠶᠢᠳᠠᠯ ᠢ ᠴᠢᠷᠮᠠᠶᠢᠨ ᠪᠦᠷᠢᠯᠳᠦᠬᠦᠯᠬᠦ ᠶᠢ ᠬᠦᠰᠡᠵᠡᠬᠡᠪᠡ᠃ ᠡᠯᠠ | ᠲᠠᠯᠠ ᠶᠢᠨ ᠬᠢᠨ᠂ ᠬᠤᠯᠪᠤᠯᠲᠤᠨ ᠨᠡᠪᠲᠡᠷᠡᠯᠴᠡᠬᠦ ᠶᠢ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢᠨ | ᠬᠠᠮᠲᠤᠷᠠᠯᠴᠠᠭᠠ ᠶᠢᠨ ᠭᠤᠤᠯᠲᠠᠯᠭᠠ ᠲᠠᠢ ᠬᠦᠷᠢᠶᠠ ᠴᠠᠷᠠᠭᠠ ᠪᠤᠯᠭᠠᠵᠤ᠂ ᠰᠠᠭᠤᠷᠢ ᠲᠦᠬᠦᠭᠡᠷᠦᠮᠵᠢ ᠶᠢᠨ ᠬᠤᠯᠪᠤᠯᠲᠤᠠ | ᠨᠡᠪᠲᠡᠷᠡᠯᠴᠡᠬᠦ ᠲᠤᠤᠷ ᠢ ᠲᠡᠭᠦᠯᠲᠡᠷᠵᠢᠭᠦᠯᠦᠨ᠂ ᠲᠦᠷᠦ ᠶᠢᠨ ᠪᠤᠲᠤᠯᠭᠠ᠂ ᠲᠦᠷᠢᠮ ᠲᠤᠭᠲᠠᠭᠠᠯ᠂ ᠪᠠᠷᠢᠮᠵᠢᠶᠠ ᠵᠡᠷᠭᠡ | ᠲᠠᠯᠠ ᠪᠠᠷ ᠬᠢ ︽ᠵᠦᠬᠡᠯᠡᠡ ᠬᠤᠯᠪᠤᠯᠲᠤᠯ ᠨᠡᠪᠲᠡᠷᠡᠯ︾ ᠢ ᠴᠢᠷᠮᠠᠶᠢᠨ ᠴᠢᠩᠭᠠᠳᠬᠠᠵᠦ᠂ ᠬᠤᠯᠪᠤᠯᠲᠤᠯ ᠨᠡᠪᠲᠡᠷᠡᠯᠴᠡᠯ ᠤᠨ ᠪᠤᠲᠠᠲᠤ | ᠴᠤᠭᠴᠠ ᠶᠢᠨ ᠠᠵᠦ ᠠᠬᠤᠢ ᠳᠤ ᠦᠵᠡᠭᠦᠯᠬᠦ ᠰᠠᠴᠤᠷᠠᠭ ᠨᠦᠯᠦᠭᠡ ᠪᠤᠯᠤᠨ ᠲᠠᠶᠢᠴᠢᠯᠠᠬᠤ ᠦᠢᠯᠡᠲᠦᠯ ᠢ ᠬᠦᠢᠴᠡᠳ | ᠪᠠᠲᠠᠷᠠᠭᠤᠯᠵᠦ᠂ ᠲᠤᠭᠲᠠᠭᠤᠨ ᠪᠦᠭᠡᠳ ᠤᠯᠠᠠ ᠡᠰᠢᠲᠦ ᠮᠦᠩᠭᠦᠨ ᠬᠦᠢᠯᠭᠡᠭᠡ ᠶᠢᠨ ᠬᠤᠯᠪᠤᠯᠲᠤᠯ ᠨᠡᠪᠲᠡᠷᠡᠯ ᠪᠤᠯᠤᠨ | ᠬᠠᠮᠲᠤᠷᠠᠯᠴᠠᠭᠠᠠ ᠤ ᠪᠠᠶᠢᠷᠢᠰᠢᠯ ᠢ ᠪᠠᠶᠢᠭᠤᠯᠬᠤ ᠪᠠᠷ ᠰᠠᠨᠠᠯ ᠨᠢᠭᠡᠲᠠᠢ ᠲᠤᠭᠲᠠᠵᠠᠢ᠃ ᠡᠯᠠ ᠲᠠᠯᠠ ᠶᠢᠨ ᠬᠢᠨ ︽ᠨᠢᠭᠡ ᠪᠦᠰᠡ ᠨᠢᠭᠡ | ᠵᠠᠮ ︾ ᠤᠨ ᠪᠦᠲᠦᠭᠡᠡ ᠪᠠᠶᠢᠭᠤᠯᠤᠯᠲᠠ ᠳᠤ ᠠᠵᠦ ᠠᠬᠤᠢ ᠶᠢᠨ ᠬᠠᠮᠲᠤᠷᠠᠯᠴᠠᠭᠠ ᠪᠤᠯᠤᠨ ᠰᠤᠶᠦᠯ ᠢᠷᠭᠡᠨᠰᠢᠯ ᠤᠨ | ᠰᠤᠯᠢᠯᠴᠠᠭᠠ ᠶᠢᠨ ᠬᠤᠤᠰ ᠵᠢᠮ ᠢᠶᠠᠷ ᠬᠠᠮᠲᠤ ᠤᠷᠤᠭᠰᠢᠯᠠᠬᠤ ᠶᠢ ᠪᠠᠷᠢᠮᠲᠠᠯᠠᠵᠦ᠂ ᠠᠷᠠᠳ ᠤᠨ ᠠᠮᠢᠲᠤᠷᠠᠯ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠵᠦ᠂ ᠦᠷᠬᠦᠯᠵᠢᠯᠡᠬᠦ ᠬᠦᠭᠵᠢᠯᠲᠡ ᠳᠤ ᠦᠢᠯᠡᠴᠢᠯᠡᠬᠦ ᠪᠠᠷ ᠰᠠᠨᠠᠯ ᠨᠢᠭᠡᠲᠡᠢ ᠵᠦᠪᠰᠢᠶᠡᠷᠡᠵᠠᠢ᠃ ᠬᠤᠷᠠᠯ ᠳᠤ | ᠤᠷᠤᠯᠴᠠᠭᠰᠠᠠ ᠡᠯᠠ ᠤᠯᠤᠰ ᠤᠨ ᠤᠲᠤᠷᠢᠳᠬᠤ ᠬᠦᠮᠦᠰ ᠵᠢᠴᠢ ᠤᠯᠠᠠ ᠤᠯᠤᠰ ᠤᠨ ᠵᠤᠬᠢᠶᠠᠠ ᠪᠠᠶᠢᠭᠤᠯᠤᠯᠲᠠ ᠶᠢᠨ | ᠬᠠᠷᠢᠭᠤᠴᠠᠯᠭᠠᠲᠠᠠ ᠲᠤᠮᠲᠠᠲᠤ ᠤᠯᠤᠰ ᠤᠨ ᠲᠠᠯᠠ ᠶᠢᠨ ᠲᠤᠷᠠᠲᠤᠭᠰᠠᠠ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭᠠ | ᠵᠢᠴᠢ ᠡᠨᠡ ᠤᠲᠠᠭᠠᠠ ᠤ ᠲᠦᠷᠦᠭᠦᠴᠤᠳ ᠤᠨ ᠶᠠᠷᠢᠶᠠᠠ ᠤ ᠲᠡᠪᠴᠠᠩ ᠢ ᠡᠷᠬᠢᠯᠡᠭᠰᠡᠡ ᠢ ᠲᠡᠭᠡᠲᠦ ᠬᠡᠮᠵᠢᠶᠠ ᠪᠠᠷ ᠦᠨᠡᠯᠡᠵᠦ᠂ ᠭᠠᠷ | ᠬᠤᠯᠪᠤᠠ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠵᠦ᠂ ᠬᠠᠮᠲᠤ ᠪᠠᠷ ᠴᠡᠴᠡᠭᠯᠡᠡ ᠬᠦᠭᠵᠢᠬᠦ ᠶᠢ | ᠪᠡᠶᠡᠯᠡᠭᠦᠯᠬᠦ ᠶᠢ ᠬᠦᠰᠡᠡ ᠱᠠᠭᠠᠷᠳᠠᠪᠠ᠃ ᠦᠲᠡ ᠶᠢᠨ ᠬᠤᠶᠢᠨᠠᠬᠢ 5 ᠴᠠᠭ ᠤᠨ ᠦᠶᠠ ᠪᠠᠷ᠂ ᠬᠤᠷᠠᠯ ᠲᠡᠭᠦᠰᠭᠦ ᠭᠤᠭᠴᠤᠭᠠ ᠳᠤ | ᠤᠷᠤᠵᠦ᠂ ᠡᠯᠠ ᠲᠠᠯᠠ ᠶᠢᠨ ᠬᠢᠨ ︽︿ᠨᠢᠭᠡ ᠪᠦᠰᠡ ᠨᠢᠭᠡ ᠵᠠᠮ﹀ ᠤᠨ ᠤᠯᠠᠠ ᠤᠯᠤᠰ ᠤᠨ ᠬᠠᠮᠲᠤᠷᠠᠯᠴᠠᠭᠠᠨ ᠤ | ᠲᠦᠷᠦᠭᠦᠴᠤᠳ ᠤᠨ ᠶᠠᠷᠢᠶᠠᠠ ᠤ ᠲᠡᠪᠴᠠᠩ ᠤᠨ ᠲᠤᠭᠤᠷᠢᠭ ᠰᠢᠷᠡᠭᠡᠡ ᠤ ᠲᠦᠷᠦᠭᠦᠴᠤᠳ ᠤᠨ ᠬᠤᠷᠠᠯ ᠤᠨ ᠬᠠᠮᠲᠤᠷᠠᠭᠰᠠᠠ | ᠠᠯᠪᠠᠠ ᠮᠡᠲᠡᠭᠡ︾ ᠶᠢ ᠪᠠᠲᠤᠯᠠᠵᠦ᠂ ︽ᠨᠢᠭᠡ ᠪᠦᠰᠡ ᠨᠢᠭᠡ ᠵᠠᠮ︾ ᠤᠨ ᠤᠯᠠᠠ ᠤᠯᠤᠰ ᠤᠨ ᠬᠠᠮᠲᠤᠷᠠᠯᠴᠠᠭᠠᠠ ᠤ | ᠲᠦᠷᠦᠭᠦᠴᠤᠳ ᠤᠨ ᠶᠠᠷᠢᠶᠠᠠ ᠤ ᠲᠡᠪᠴᠠᠩ ᠤᠨ ᠦᠷᠡ ᠪᠦᠲᠦᠮᠵᠢ ᠶᠢᠨ ᠨᠠᠷᠢᠨ ᠬᠠᠭᠤᠲᠠᠰᠤ ᠶᠢ ᠨᠡᠶᠢᠲᠡᠯᠡᠪᠠ᠃ ᠰᠢ ᠶᠢᠨ ᠫᠢᠩ | ᠲᠡᠭᠦᠰᠬᠦ ᠦᠭᠡ ᠬᠡᠯᠡᠵᠦ᠂ ᠬᠤᠷᠠᠯ ᠲᠡᠭᠡᠷᠠ ᠲᠤᠬᠢᠷᠠᠯᠴᠠᠭᠰᠠᠠ 5 ᠴᠢᠬᠤᠯᠠ ᠬᠠᠮᠲᠤ ᠶᠢᠨ ᠲᠠᠨᠢᠯᠲᠠ ᠶᠢ ᠳ᠋ᠦᠩᠨᠡᠵᠠᠢ᠃ | ᠨᠢᠭᠡᠲᠦᠭᠡᠷ ᠲᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢᠨ ᠬᠠᠮᠲᠤᠷᠠᠯᠴᠠᠭᠠ ᠶᠢ ᠠᠬᠢᠭᠤᠯᠬᠤ ᠪᠠᠷ | ᠬᠦᠴᠦᠯᠡᠨ ᠴᠢᠷᠮᠠᠶᠢᠵᠦ᠂ ᠭᠠᠷ ᠬᠤᠯᠪᠤᠠ ᠲᠡᠯᠡᠭᠡᠢ ᠶᠢᠨ ᠠᠵᠦ ᠠᠬᠤᠢ ᠳᠤ ᠲᠤᠯᠭᠠᠷᠠᠵᠦ ᠪᠠᠶᠢᠭᠠ ᠦᠷᠢᠰᠦᠯᠲᠦᠭᠡᠡ ᠢ | ᠠᠷᠭᠠᠴᠠᠨᠠ᠃ ᠡᠯᠠ ᠲᠠᠯᠠ ᠶᠢᠨ ᠬᠢᠨ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢᠨ ᠬᠠᠮᠲᠤᠷᠠᠯᠴᠠᠭᠠ ᠶᠢᠨ | ᠤᠯᠤᠭᠰᠠᠠ ᠠᠬᠢᠴᠠ ᠶᠢ ᠢᠲᠡᠪᠬᠢᠲᠠᠢ ᠦᠨᠡᠯᠡᠵᠦ᠂ ᠦᠷᠬᠦᠯᠵᠢᠯᠡᠡ ᠴᠢᠷᠮᠠᠶᠢᠵᠦ ᠪᠠᠶᠢᠭᠠᠳ ᠡᠯᠠ ᠤᠯᠤᠰ ᠤᠨ ᠲᠦᠷᠦ ᠶᠢᠨ | ᠪᠤᠲᠤᠯᠭᠠ ᠶᠢᠨ ᠨᠡᠪᠲᠡᠷᠡᠯᠴᠡᠭᠡ ᠶᠢ ᠨᠡᠩ ᠬᠦᠴᠤᠨ ᠲᠠᠢ᠂ ᠰᠠᠭᠤᠷᠢ ᠲᠦᠬᠦᠭᠡᠷᠦᠮᠵᠢ ᠶᠢᠨ ᠬᠤᠯᠪᠤᠯᠲᠤᠯ ᠨᠡᠪᠲᠡᠷᠡᠯ ᠢ ᠨᠡᠩ | ᠦᠨᠲᠦᠷ ᠪᠦᠲᠦᠮᠵᠢᠲᠠᠢ᠂ ᠠᠷᠠᠯᠵᠢᠶᠠ ᠶᠢ ᠨᠡᠩ ᠰᠠᠭᠠᠳ ᠦᠭᠡᠢ ᠨᠡᠪᠲᠠᠷᠠᠭᠦᠯᠵᠦ᠂ ᠪᠡᠯᠡ ᠮᠦᠩᠭᠦ ᠶᠢ ᠨᠡᠩ ᠠᠭᠤᠰᠤᠯᠴᠠᠭᠤᠯᠤᠨ | ᠨᠡᠪᠲᠡᠷᠡᠭᠦᠯᠵᠦ᠂ ᠠᠷᠠᠳ ᠤᠨ ᠰᠡᠳᠭᠢᠯ ᠢ ᠨᠡᠩ ᠨᠡᠪᠲᠡᠷᠡᠭᠦᠯᠦᠨᠠ ᠭᠡᠵᠤ ᠢᠯᠡᠳᠭᠡᠪᠡ᠃ ᠬᠤᠶᠠᠳᠤᠭᠠᠷ ᠲᠤ᠂ ᠠᠵᠦ ᠠᠬᠤᠢ ᠶᠢᠨ | ᠳᠦᠷᠦ ᠶᠢᠨ ᠪᠤᠳᠤᠯᠭᠠ ᠶᠢ ᠵᠤᠬᠢᠴᠠᠭᠤᠯᠬᠤ ᠪᠠ ᠬᠦᠭᠵᠢᠯᠳᠠ ᠶᠢᠨ ᠪᠠᠶᠢᠯᠳᠤᠬᠤ ᠪᠤᠳᠤᠯᠭᠠ ᠶᠢ ᠵᠤᠯᠭᠠᠭᠤᠯᠬᠤ ᠶᠢ | ᠴᠢᠩᠭᠠᠳᠬᠠᠬᠤ ᠶᠢ ᠳᠠᠮᠵᠢᠵᠦ᠂ ᠵᠤᠬᠢᠴᠠᠯᠳᠤᠵᠤ ᠬᠤᠯᠪᠤᠯᠳᠤᠵᠤ ᠬᠦᠭᠵᠢᠬᠦ ᠶᠢ ᠪᠠᠶᠠᠯᠠᠬᠦᠯᠬᠦ ᠪᠠᠷ ᠴᠢᠷᠮᠠᠶᠢᠨᠠ᠃ ᠡᠯᠠ | ᠳᠠᠯᠠ ᠶᠢᠨ ᠬᠢᠨ ᠠᠵᠦ ᠠᠬᠤᠢ᠂ ᠮᠦᠩᠬᠦᠡ ᠬᠦᠢᠯᠬᠡᠬᠡ᠂ ᠠᠷᠠᠯᠵᠢᠶᠠ᠂ ᠪᠠᠯᠠ ᠤᠷᠦᠭᠤᠯᠤᠯᠳᠠ ᠵᠡᠷᠬᠡ ᠬᠦᠷᠢᠶᠡᠡ ᠳᠠᠬᠢ ᠬᠤᠷᠸᠠ | ᠳᠦᠷᠦ ᠶᠢᠨ ᠪᠤᠳᠤᠯᠭᠠ ᠶᠢᠨ ᠵᠤᠬᠢᠴᠠᠭᠤᠯᠭᠠ ᠬᠢᠬᠦ ᠶᠢ ᠴᠢᠩᠭᠠᠳᠬᠠᠬᠤ︔ ᠨᠡᠬᠡᠬᠡᠯᠳᠡᠲᠦ ᠬᠡᠯᠪᠡᠷᠢ ᠶᠢᠨ ᠳᠠᠯᠠᠬᠡᠢ ᠶᠢᠨ ᠠᠵᠦ | ᠠᠬᠤᠢ ᠶᠢ ᠪᠠᠶᠢᠭᠤᠯᠬᠤ ᠶᠢ ᠳᠡᠮᠵᠢᠵᠦ᠂ ᠴᠢᠯᠦᠬᠡᠳᠦ ᠠᠷᠠᠯᠵᠢᠶᠡᠡ ᠤ ᠤᠷᠤᠨ ᠤ ᠪᠦᠳᠦᠬᠡᠡ ᠪᠠᠶᠢᠭᠤᠯᠤᠯᠳᠠ ᠶᠢ ᠠᠬᠢᠭᠤᠯᠵᠦ᠂ | ᠠᠷᠠᠯᠵᠢᠶᠠ ᠪᠡ ᠪᠡᠯᠡ ᠤᠷᠦᠭᠤᠯᠤᠯᠳᠠ ᠶᠢᠨ ᠴᠢᠯᠦᠬᠡᠵᠢᠯᠲᠡ ᠳᠦᠬᠦᠮᠴᠢᠯᠡᠯᠲᠡ ᠶᠢ ᠠᠬᠢᠭᠤᠯᠬᠤ︔ ᠬᠦᠭᠵᠢᠯᠳᠠ ᠶᠢᠨ ᠪᠠᠶᠢᠯᠳᠤᠬᠤ | ᠪᠤᠳᠤᠯᠭᠠ ᠵᠢᠴᠢ ᠬᠠᠮᠳᠦᠷᠠᠯᠴᠠᠭᠠᠠ ᠤ ᠳᠦᠯᠥᠪᠵᠢᠬᠦᠯᠬᠡ ᠶᠢ ᠪᠦᠳᠦᠮᠵᠢᠳᠠᠢ ᠵᠤᠯᠭᠠᠭᠤᠯᠵᠦ᠂ ᠳᠠᠪᠠᠭᠤᠯᠢᠬ ᠢᠶᠠᠷ ᠢᠶᠠᠨ ᠬᠠᠷᠢᠯᠴᠠᠠ | ᠨᠦᠬᠦᠪᠤᠷᠢᠯᠠᠵᠦ᠂ ᠬᠠᠮᠵᠢᠯᠴᠠᠠ ᠵᠡᠷᠬᠡᠪᠡᠷ ᠤᠷᠦᠬᠰᠢᠯᠠᠬᠤ︔ ᠰᠢᠨᠠ ᠶᠢ ᠡᠬᠦᠳᠦᠡ ᠬᠦᠭᠵᠢᠬᠦᠯᠬᠦ ᠶᠢ ᠴᠢᠬᠤᠯᠠᠴᠢᠯᠠᠵᠦ᠂ ᠰᠢᠨᠠ | ᠠᠵᠦ ᠦᠢᠯᠠᠰ᠂ ᠰᠢᠨᠠ ᠡᠵᠡᠩᠨᠡᠯᠳᠡ ᠶᠢᠨ ᠬᠡᠯᠪᠡᠷᠢ᠂ ᠰᠢᠨᠠ ᠵᠠᠬᠪᠤᠷ ᠢ ᠪᠤᠶᠢᠵᠢᠭᠤᠯᠵᠦ᠂ ᠨᠡᠮᠡᠭᠳᠡᠯ ᠤᠨ ᠰᠢᠨᠠ ᠬᠦᠳᠠᠯᠬᠡᠬᠦ | ᠬᠦᠴᠦᠡ ᠢ ᠠᠭᠤᠳᠠᠯᠯᠠᠬᠤ ᠪᠠᠷ ᠵᠦᠪᠰᠢᠶᠠᠷᠠᠵᠡᠢ᠃ ᠭᠤᠷᠪᠡᠳᠦᠭᠠᠷ ᠲᠤ᠂ ᠡᠯᠠ ᠬᠦᠷᠢᠶᠠᠠ ᠳᠠᠬᠢ ᠪᠤᠳᠠᠳᠠᠢ ᠶᠢ ᠡᠷᠬᠢᠮᠯᠡᠭᠰᠠᠠ | ᠬᠠᠮᠳᠦᠷᠠᠯᠴᠠᠭᠠ ᠶᠢᠨ ᠳᠠᠰᠦᠷᠠᠯᠳᠠ ᠦᠬᠡᠢ ᠰᠢᠨᠠ ᠦᠷᠠ ᠪᠦᠳᠦᠮᠵᠢ ᠤᠯᠬᠤ ᠶᠢ ᠠᠬᠢᠭᠤᠯᠤᠨᠠ᠃ ᠡᠯᠠ ᠳᠠᠯᠠ ᠶᠢᠨ ᠬᠢᠨ | ᠬᠠᠷᠢᠯᠴᠠᠠ ᠬᠤᠯᠪᠤᠭᠠᠯᠠᠵᠦ ᠬᠠᠷᠢᠯᠴᠠᠠ ᠨᠡᠪᠳᠡᠷᠡᠯᠴᠡᠬᠦ ᠶᠢ ᠦᠷᠬᠦᠯᠵᠢᠯᠡᠡ ᠭᠤᠤᠯᠳᠠᠯᠭᠠ ᠪᠤᠯᠭᠠᠵᠦ᠂ ᠰᠠᠭᠤᠷᠢ | ᠳᠦᠬᠦᠬᠡᠷᠦᠮᠵᠢ ᠶᠢᠨ ᠬᠤᠯᠪᠤᠭᠠᠯᠠᠠ ᠨᠡᠪᠳᠡᠷᠡᠯᠴᠡᠬᠦ ᠰᠦᠯᠵᠢᠶᠠ ᠶᠢ ᠪᠠᠶᠢᠭᠤᠯᠬᠤ︔ ᠠᠵᠦ ᠠᠬᠤᠢ ᠶᠢᠨ ᠬᠤᠨᠭ᠍ᠬᠢᠯ ᠤᠨ ᠪᠦᠳᠦᠬᠡᠡ | ᠪᠠᠶᠢᠭᠤᠯᠤᠯᠳᠠ ᠶᠢ ᠦᠷᠬᠦᠯᠵᠢᠯᠡᠡ ᠢᠳᠡᠪᠬᠢᠳᠡᠢ ᠪᠠᠷ ᠠᠬᠢᠭᠤᠯᠵᠦ᠂ ᠪᠤᠳᠠᠳᠦ ᠴᠤᠬᠴᠠ ᠶᠢᠨ ᠠᠵᠦ ᠠᠬᠤᠢ ᠶᠢ ᠨᠠᠩ ᠰᠠᠶᠢᠠ ᠨᠠᠩ | ᠳᠦᠷᠬᠡᠡ ᠬᠦᠭᠵᠢᠬᠦᠯᠬᠦ ᠶᠢ ᠠᠬᠢᠭᠤᠯᠬᠤ︔ ᠪᠡᠯᠡ ᠤᠷᠦᠭᠤᠯᠤᠯᠳᠠ ᠪᠡ ᠪᠠᠯᠠ ᠴᠤᠬᠯᠠᠭᠤᠯᠬᠤ ᠬᠠᠮᠳᠦᠷᠠᠯᠴᠠᠭᠠ ᠶᠢ | ᠴᠢᠬᠤᠯᠠᠴᠢᠯᠠᠵᠦ᠂ ᠬᠠᠷᠢᠯᠴᠠᠠ ᠮᠦᠩᠬᠦᠠ ᠬᠦᠢᠯᠬᠡᠬᠡᠡ ᠤ ᠵᠠᠬᠠ ᠳᠠᠯᠬᠡᠬᠦᠷ ᠤᠨ ᠨᠡᠬᠡᠬᠡᠯᠲᠡ ᠪᠠᠨ ᠦᠷᠬᠡᠳᠬᠡᠬᠦ ᠶᠢ ᠳᠡᠮᠵᠢᠵᠦ᠂ | ᠳᠤᠬᠳᠠᠭᠤᠠ᠂ | ᠦᠷᠬᠦᠯᠵᠢᠯᠡᠬᠦ᠂ ᠳᠦᠭᠰᠢᠬᠦᠷᠢ ᠶᠢ ᠡᠵᠡᠮᠳᠡᠵᠦ ᠪᠤᠯᠬᠤ ᠮᠦᠩᠬᠦᠠ ᠬᠦᠢᠯᠬᠡᠬᠡᠡ ᠤ ᠪᠠᠳᠦᠯᠠᠪᠤᠷᠢ ᠶᠢᠨ ᠰᠢᠰᠲ᠋ᠧᠮ ᠢ | ᠴᠢᠷᠮᠠᠶᠢᠠ ᠪᠠᠶᠢᠭᠤᠯᠬᠤ ᠪᠠᠷ ᠳᠤᠬᠳᠠᠪᠡ᠃ ᠳᠦᠷᠪᠡᠳᠦᠬᠡᠷ ᠲᠤ᠂ ᠡᠯᠠ ᠤᠯᠤᠰ ᠤᠨ ᠠᠷᠠᠳ ᠤᠨ ᠬᠤᠭᠤᠷᠦᠠᠳᠦᠬᠢ ᠬᠠᠷᠢᠯᠴᠠᠭᠠ | ᠶᠠᠪᠤᠯᠴᠠᠭᠠ ᠶᠢᠨ ᠬᠦᠬᠦᠷᠬᠡ ᠪᠤᠰᠬᠠᠨᠠ᠃ ᠡᠯᠠ ᠳᠠᠯᠠ ᠶᠢᠨ ᠬᠢᠨ ᠳᠤᠷᠠᠳᠠᠶᠠ ᠤᠯᠠᠠ ᠳᠡᠰ ᠳᠠᠪᠬᠤᠷᠭᠠ ᠶᠢᠨ᠂ ᠦᠷᠬᠡᠡ | ᠬᠦᠷᠢᠶᠡᠡ ᠳᠠᠬᠢ ᠰᠤᠶᠤᠯ ᠢᠷᠬᠡᠨᠰᠢᠯ ᠤᠨ ᠬᠠᠮᠳᠦᠷᠠᠯᠴᠠᠭᠠ ᠶᠢ ᠰᠦᠪᠡᠭᠴᠢᠯᠠᠠ ᠰᠤᠳᠤᠯᠵᠦ᠂ ᠤᠯᠠᠠ ᠡᠰᠢᠴᠢᠯᠠᠠ ᠬᠠᠷᠢᠯᠴᠠᠠ | ᠬᠦᠳᠡᠯᠦᠯᠴᠡᠬᠦ᠂ ᠴᠡᠴᠡᠭ ᠪᠦᠬᠦᠠ ᠢ ᠵᠡᠷᠬᠡᠪᠡᠷ ᠳᠡᠯᠬᠡᠷᠡᠬᠦᠯᠬᠦ ᠰᠤᠶᠤᠯ ᠢᠷᠬᠡᠨᠰᠢᠯ ᠤᠨ ᠰᠤᠯᠢᠯᠴᠠᠭᠠ ᠶᠢᠨ ᠪᠠᠶᠢᠳᠠᠯ ᠢ ᠪᠤᠢ | ᠪᠤᠯᠭᠠᠨᠠ︔ ᠤᠷᠴᠢᠠ ᠳᠤᠭᠤᠷᠢᠠ ᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ᠂ ᠢᠯᠵᠢᠷᠠᠯ ᠢ | ᠡᠰᠠᠷᠬᠦᠴᠠᠬᠦ ᠵᠡᠷᠬᠡ ᠬᠦᠷᠢᠶᠠᠠ ᠳᠠᠬᠢ ᠬᠠᠮᠳᠦᠷᠠᠯᠴᠠᠭᠠ ᠪᠠᠨ ᠴᠢᠩᠭᠠᠳᠬᠠᠵᠦ᠂ ᠬᠦᠮᠦᠰ ᠤᠨ ᠬᠠᠷᠢᠯᠴᠠᠵᠦ ᠶᠠᠪᠤᠯᠴᠠᠬᠤ ᠳᠤ | ᠳᠦᠬᠦᠮ ᠦᠵᠡᠬᠦᠯᠤᠨᠠ᠃ ᠲᠠᠪᠤᠳᠤᠭᠠᠷ ᠲᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠡ ᠪᠤᠯ ᠨᠡᠭᠡᠭᠡᠯᠳᠡᠲᠠᠢ | ᠪᠠᠭᠳᠠᠭᠠᠮᠵᠢᠳᠠᠢ ᠭᠦᠭᠵᠢᠯᠳᠡ ᠶᠢᠨ ᠲᠠᠪᠴᠠᠩ ᠪᠤᠯᠤᠨᠡ᠂ ᠡᠯᠡ ᠤᠯᠤᠰ ᠴᠦᠮ ᠡᠷᠭᠡ ᠲᠡᠭᠰᠢ ᠤᠷᠤᠯᠴᠠᠬᠴᠢ᠂ ᠬᠤᠪᠢ ᠨᠡᠮᠡᠷᠢ | ᠦᠵᠡᠭᠦᠯᠦᠭᠴᠢ᠂ ᠠᠰᠢᠭ ᠲᠤᠰᠡ ᠭᠦᠷᠳᠡᠭᠴᠢ ᠪᠤᠯᠤᠨᠡ ᠭᠡᠳᠡᠭ ᠲᠤ ᠪᠠᠲᠦ ᠢᠲᠡᠭᠡᠯ ᠲᠠᠢ ᠪᠤᠯᠵᠠᠢ᠃ ᠰᠢ ᠶᠢᠨ ᠫᠢᠩ᠂ ᠡᠯᠡ | ᠲᠠᠯᠡ ᠶᠢᠨ ᠬᠢᠨ ᠬᠠᠮᠳᠤ ᠪᠠᠷ ᠵᠦᠪᠳᠡᠯᠴᠡᠭᠦ᠂ ᠬᠠᠮᠳᠤ ᠪᠠᠷ ᠪᠠᠶᠢᠭᠤᠯᠬᠤ᠂ ᠬᠠᠮᠳᠤ ᠪᠠᠷ ᠡᠳ᠋ᠯᠡᠭᠦ ᠵᠠᠷᠴᠢᠮ ᠢ ᠪᠠᠷᠢᠮᠳᠠᠯᠠᠵᠤ᠂ | ᠬᠠᠷᠢᠯᠴᠡᠨ ᠭᠦᠨᠳᠦᠳᠭᠡᠵᠤ᠂ ᠠᠷᠠᠳᠴᠢᠯᠡᠯ ᠢᠶᠠᠷ ᠵᠦᠪᠳᠡᠵᠤ᠂ ᠬᠠᠮᠳᠤ ᠪᠠᠷ ᠰᠢᠢᠳᠪᠦᠷᠢᠳᠤ ᠪᠤᠳᠤᠯᠭᠠ ᠲᠤᠭᠳᠠᠭᠠᠬᠤ ᠶᠢ | ᠪᠠᠷᠢᠮᠳᠠᠯᠠᠶᠡ᠃ ᠲᠡᠤᠭᠡ ᠬᠡᠵᠢᠶᠡᠳᠡ ᠬᠦᠮᠦᠰ ᠤᠨ ᠰᠠᠶᠢᠨ ᠰᠠᠶᠢᠬᠠᠨ ᠠᠮᠢᠳᠤᠷᠠᠯ ᠢ ᠭᠦᠭᠡᠭᠡᠴᠡᠯᠳᠦᠭᠦ ᠠᠯᠬᠤᠴᠡ ᠶᠢ ᠲᠠᠭᠠᠯᠳᠤᠵᠤ | ᠤᠷᠤᠭᠰᠢ ᠭᠦᠭᠵᠢᠳᠡᠭ᠃ ᠬᠤᠶᠠᠷ ᠮᠢᠩᠭᠠᠨ ᠵᠢᠯ ᠤᠨ ᠡᠮᠤᠨᠡᠬᠢ ᠶᠢ ᠡᠷᠬᠢᠴᠡᠭᠦᠯᠪᠡᠯ᠂ ᠮᠠᠨ ᠤ ᠤᠷᠢᠳᠤᠰ ᠶᠠᠭ ᠡᠶᠢᠮᠦᠷᠬᠦ | ᠢᠳᠡᠷᠭᠡᠭ ᠠᠯᠬᠤᠭᠠ ᠪᠠᠷ ᠰᠢᠨᠳᠡᠷᠡᠰᠢ ᠦᠭᠡᠢ ᠤᠷᠤᠭᠰᠢᠯᠠᠬᠤ ᠵᠤᠷᠢᠭ ᠰᠠᠨᠠᠭᠠ ᠪᠠᠷ᠂ ᠠᠽᠢᠶᠡ ᠡᠸᠦ᠋ᠷᠤᠫᠠ ᠶᠢᠨ ᠡᠭᠡ | ᠬᠠᠭᠤᠷᠠᠢ ᠶᠢ ᠬᠤᠯᠪᠤᠬᠰᠡᠨ ᠲᠤᠷᠭᠠᠨ ᠵᠠᠮ ᠢ ᠨᠡᠭᠡᠭᠡᠵᠠᠢ᠃ ᠦᠨᠤᠳᠤᠷ᠂ ︽ ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠡ ᠨᠢ | ᠵᠠᠮ ᠲᠠᠭᠠᠤ ᠶᠢᠨ ᠡᠯᠡ ᠤᠯᠤᠰ ᠤᠨ ᠠᠷᠠᠳ ᠲᠦᠮᠡᠨ ᠢ ᠨᠢᠬᠳᠡ ᠬᠤᠯᠪᠤᠵᠤ᠂ ᠡᠯᠡ ᠤᠯᠤᠰ ᠤᠨ ᠠᠷᠠᠳ ᠲᠦᠮᠡᠨ ᠢ ᠨᠡᠩ | ᠰᠠᠶᠢᠨ ᠢᠶᠠᠷ ᠭᠦᠭᠵᠢᠯᠳᠡ ᠶᠢᠨ ᠦᠷᠠ ᠪᠦᠳᠦᠮᠵᠢ ᠶᠢ ᠬᠠᠮᠳᠤ ᠪᠠᠷ ᠡᠳ᠋ᠯᠡᠭᠦᠯᠵᠦ ᠪᠠᠶᠢᠨᠠ᠃ ᠪᠢᠳᠡ ᠵᠤᠷᠢᠭᠳᠠᠢ ᠪᠠᠷ ᠡᠭᠦᠷᠭᠡᠯᠡᠵᠤ᠂ | ᠵᠡᠮ ᠨᠡᠭᠡᠭᠡᠨ ᠤᠷᠤᠬᠰᠢᠯᠠᠵᠦ᠂ ᠪᠤᠳᠠᠳᠠᠢ ᠦᠢᠯᠡ ᠠᠵᠢᠯᠯᠠᠭᠠ ᠪᠠᠷ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠳᠡ ᠶᠢᠨ ᠬᠠᠮᠳᠤᠷᠠᠯᠴᠠᠭᠠ ᠲᠠᠰᠤᠷᠠᠯᠳᠡ ᠦᠭᠡᠢ ᠰᠢᠨᠡ ᠠᠬᠢᠴᠡ ᠲᠠᠢ ᠪᠤᠯᠬᠤ ᠶᠢ ᠠᠬᠢᠭᠤᠯᠵᠤ᠂ ᠬᠦᠮᠤᠨ | ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠡ ᠶᠢ ᠪᠠᠶᠢᠭᠤᠯᠬᠤ ᠳᠤ ᠭᠦᠴᠦᠷᠭᠡᠭ ᠭᠦᠳᠡᠯᠭᠡᠭᠦ ᠭᠦᠴᠤᠨ ᠨᠡᠮᠡᠷᠢᠯᠡᠶᠡ | ᠭᠡᠵᠤ ᠵᠢᠭᠠᠵᠤ ᠭᠠᠷᠭᠠᠪᠡ᠃ ᠰᠢ ᠶᠢᠨ ᠫᠢᠩ᠂ ᠲᠤᠮᠳᠠᠳᠤ ᠤᠯᠤᠰ 2019 ᠤᠨ ᠳᠤ ᠬᠤᠶᠠᠳᠤᠭᠠᠷ ᠬᠤᠭᠤᠴᠠᠭᠠᠨ ᠤ ︽ᠨᠢᠭᠡ | ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠭᠦᠴᠤᠳ ᠤᠨ ᠶᠡᠷᠢᠶᠡᠨ ᠤ ᠲᠠᠪᠴᠠᠩ ᠢ ᠡᠷᠬᠢᠯᠡᠨᠠ | ᠭᠡᠵᠤ ᠨᠡᠶᠢᠳᠡᠯᠡᠪᠡ᠃ ᠲᠤᠭᠤᠷᠢᠭ ᠰᠢᠷᠡᠭᠡᠨ ᠤ ᠬᠤᠷᠠᠯ ᠲᠡᠭᠦᠰᠦᠭᠰᠡᠨ ᠤ ᠲᠠᠷᠠᠭᠠ᠂ ᠰᠢ ᠶᠢᠨ ᠫᠢᠩ ᠲᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢ ᠲᠠᠢ ᠠᠭᠤᠯᠵᠠᠵᠤ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ | ᠲᠦᠷᠦᠭᠦᠴᠤᠳ ᠤᠨ ᠶᠠᠷᠢᠶᠡᠨ ᠤ ᠲᠠᠪᠴᠠᠩ ᠤᠨ ᠬᠤᠷᠠᠯ ᠤᠨ ᠪᠠᠶᠢᠳᠠᠯ ᠪᠡ ᠭᠤᠤᠯ ᠦᠷᠡ ᠪᠦᠳᠦᠮᠵᠢ ᠶᠢ ᠲᠠᠨᠢᠯᠴᠠᠭᠤᠯᠵᠠᠢ᠃ | ᠰᠢ ᠶᠢᠨ ᠫᠢᠩ᠂ ᠡᠨᠡ ᠪᠤᠯ ᠲᠠᠯᠠᠬᠡᠢ ᠨᠡᠶᠢᠭᠡᠮ ᠤᠨ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠡ ᠶᠢᠨ | ᠲᠤᠭᠤᠷᠢᠨ ᠳᠤ ᠡᠷᠬᠢᠯᠡᠭᠰᠡᠨ ᠲᠡᠭᠡᠳᠤ ᠲᠡᠰ ᠤᠨ ᠦᠪᠡᠳᠡᠭᠰᠢ ᠬᠤᠷᠠᠯ ᠪᠤᠯᠤᠨᠡ᠃ ᠬᠤᠷᠠᠯ ᠠᠴᠠ ᠡᠯᠡ ᠲᠠᠯᠠ ᠶᠢᠨ ᠬᠢᠨ ᠤ ︽ | ᠨᠢᠬᠡ ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ ᠶᠢᠨ ᠬᠠᠮᠳᠤᠷᠠᠯᠴᠠᠭᠠ ᠶᠢ ᠬᠦᠴᠦᠯᠡᠨ ᠠᠬᠢᠭᠤᠯᠵᠥ᠂ ᠭᠠᠷ ᠬᠤᠯᠪᠤᠨ | ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠢᠳᠡᠪᠬᠢᠳᠡᠢ ᠲᠤᠬᠢᠶᠠ ᠶᠢ | ᠲᠠᠮᠵᠢᠭᠤᠯᠤᠭᠰᠠᠠ ᠪᠠᠶᠢᠨᠠ᠃ ᠪᠢᠳᠡ ᠲᠤᠰ ᠪᠡᠶᠡ ᠶᠢᠨ ᠬᠦᠭᠵᠢᠯᠳᠡ ᠪᠠᠨ ᠲᠡᠯᠡᠬᠡᠢ ᠶᠢᠨ ᠬᠠᠮᠳᠤ ᠶᠢᠨ ᠬᠦᠭᠵᠢᠯᠳᠡ ᠲᠠᠢ | ᠤᠶᠠᠯᠳᠤᠭᠤᠯᠬᠤ ᠪᠠᠷ ᠬᠦᠰᠡᠮᠵᠢᠯᠡᠵᠤ᠂ ︽ᠨᠢᠬᠡ ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ ᠶᠢᠨ ᠬᠠᠷᠠᠯᠳᠡ ᠪᠤᠯᠤᠨ | ᠴᠢᠭᠯᠡᠯ ᠢ ᠲᠤᠳᠤᠷᠬᠠᠢᠢᠯᠠᠪᠠ᠃ ᠪᠢᠳᠡ ᠲᠤᠷᠭᠠᠨ ᠵᠠᠮ ᠤᠨ ᠵᠤᠷᠢᠭ ᠰᠠᠨᠠᠭᠠ ᠶᠢ ᠤᠯᠠᠮᠵᠢᠯᠠᠨ ᠵᠠᠯᠭᠠᠮᠵᠢᠯᠠᠵᠥ᠂ ᠬᠠᠮᠳᠤᠷᠠᠯᠴᠠᠭᠠ | ᠬᠢᠵᠥ ᠬᠠᠮᠳᠤ ᠪᠠᠷ ᠠᠰᠢᠭ ᠬᠦᠷᠳᠡᠬᠦ ᠪᠠᠷ ᠴᠢᠷᠮᠡᠶᠢᠨᠡ᠃ ᠪᠢᠳᠡ ᠲᠦᠷᠦ ᠶᠢᠨ ᠪᠤᠳᠤᠯᠭᠠ ᠶᠢᠨ ᠵᠤᠬᠢᠴᠠᠭᠤᠯᠭᠠ ᠪᠤᠯᠤᠨ | ᠬᠦᠭᠵᠢᠯᠳᠡ ᠶᠢᠨ ᠪᠠᠶᠢᠯᠳᠤᠬᠤ ᠪᠤᠳᠤᠯᠭᠠ ᠶᠢᠨ ᠵᠤᠯᠭᠠᠭᠤᠯᠭᠠ ᠪᠠᠨ ᠦᠷᠬᠦᠯᠵᠢᠯᠡᠨ ᠴᠢᠩᠭᠠᠳᠬᠠᠵᠥ᠂ ᠬᠠᠮᠵᠢᠯᠴᠠᠨ ᠬᠦᠭᠵᠢᠬᠦ | ᠨᠡᠶᠢᠯᠡᠯ ᠬᠦᠴᠦᠨ ᠢ ᠪᠦᠷᠢᠯᠳᠦᠬᠦᠯᠥᠨᠡ᠃ ᠪᠢᠳᠡ ᠬᠠᠮᠳᠤᠷᠠᠯᠴᠠᠭᠠᠨ ᠤ ᠱᠤᠭᠤᠮ ᠤᠨ ᠵᠢᠷᠤᠭ ᠢ ᠲᠦᠯᠥᠪᠵᠢᠬᠦᠯᠵᠥ᠂ | ᠭᠤᠤᠯᠳᠠᠯᠭᠠ ᠲᠠᠢ ᠬᠠᠮᠳᠤᠷᠠᠯᠴᠠᠭᠠᠨ ᠤ ᠬᠦᠷᠢᠶᠡ ᠪᠤᠯᠤᠨ ᠠᠵᠢᠯᠯᠠᠭᠠ ᠶᠢᠨ ᠵᠠᠮ ᠢ ᠲᠤᠭᠳᠠᠭᠠᠪᠠ᠃ ᠪᠢᠳᠡ ᠲᠦᠷᠦᠬᠦᠴᠤᠳ ᠤᠨ | ᠶᠠᠷᠢᠶᠠᠨ ᠤ ᠲᠠᠪᠴᠠᠩ ᠢᠶᠠᠷ ᠲᠠᠪᠴᠠᠩ ᠪᠤᠯᠭᠠᠵᠥ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭᠠ ᠪᠠᠨ ᠠᠬᠢᠭᠤᠯᠵᠥ᠂ ᠠᠯᠢ ᠤᠯᠠᠨ | ᠢᠳᠡᠪᠬᠢᠳᠡᠢ ᠦᠷᠡ ᠪᠦᠳᠦᠭᠡᠯ ᠤᠯᠤᠭᠰᠠᠠ ᠪᠠᠶᠢᠨᠠ ᠬᠡᠵᠥ ᠵᠢᠭᠠᠵᠤ ᠭᠠᠷᠭᠠᠪᠡ᠃ ᠰᠢ ᠶᠢᠨ ᠫᠢᠩ᠂ ︽ᠨᠢᠬᠡ ᠪᠦᠰᠡ ᠨᠢᠬᠡ | ᠵᠠᠮ︾ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠥ᠂ ᠲᠡᠯᠡᠬᠡᠢ ᠶᠢᠨ ᠠᠵᠥ ᠠᠬᠤᠢ ᠳᠤ ᠲᠤᠯᠭᠠᠷᠠᠵᠥ ᠪᠠᠶᠢᠭᠠ | ᠦᠷᠢᠰᠦᠯᠳᠦᠬᠡᠨ ᠢ ᠬᠠᠮᠳᠤ ᠪᠠᠷ ᠠᠷᠭᠠᠴᠠᠬᠤ ᠨᠢ ᠪᠢᠳᠡᠨ ᠤ ᠬᠠᠮᠳᠤ ᠶᠢᠨ ᠠᠰᠢᠭ ᠲᠤᠰᠠ ᠲᠠᠢ ᠨᠡᠶᠢᠴᠡᠨᠡ᠃ ᠪᠢᠳᠡ ︽ᠨᠢᠬᠡ | ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ ᠶᠢᠨ ᠢᠷᠡᠬᠡᠳᠤᠢ ᠳᠤ ᠢᠳᠡᠭᠡᠯ ᠲᠦᠬᠦᠷᠡᠩ ᠪᠠᠶᠢᠨᠠ᠃ ᠡᠬᠦᠨ ᠤ ᠵᠡᠷᠬᠡᠪᠡᠷ᠂ | ︽ᠨᠢᠬᠡ ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ ᠪᠤᠯ ᠤᠷᠳᠤ ᠬᠤᠭᠤᠴᠠᠭᠠᠨ ᠤ ᠢᠨᠵᠧᠨᠧᠷᠢᠩ ᠪᠤᠯᠬᠤ ᠲᠤᠯᠠ | ᠡᠮᠤᠨᠡᠬᠢ ᠵᠠᠮ ᠪᠠᠰᠠ ᠲᠤᠩ ᠤᠷᠳᠤ ᠪᠠᠶᠢᠨᠠ᠂ ᠡᠯᠡ ᠲᠠᠯᠠ ᠶᠢᠨ ᠬᠢᠨ ᠭᠠᠷ ᠬᠤᠯᠪᠤᠨ ᠬᠠᠮᠳᠤᠷᠠᠯᠴᠠᠵᠥ᠂ ᠲᠠᠰᠤᠷᠠᠯᠲᠠ | ᠦᠭᠡᠢ ᠪᠠᠷ ᠦᠨᠡᠨ ᠪᠤᠳᠠᠳᠠᠢ ᠦᠷᠡ ᠪᠦᠳᠦᠮᠵᠢ ᠤᠯᠬᠤ ᠶᠢ ᠱᠠᠭᠠᠷᠳᠠᠨᠠ᠃ ᠡᠯᠡ ᠲᠠᠯᠠ ᠶᠢᠨ ᠬᠠᠮᠳᠤ ᠶᠢᠨ ᠴᠢᠷᠮᠠᠶᠢᠯᠭᠠ ᠪᠠᠷ᠂ | ︽ᠨᠢᠬᠡ ᠪᠦᠰᠡ ᠨᠢᠬᠡ ᠵᠠᠮ︾ ᠢ ᠡᠩᠬᠡ ᠲᠠᠶᠢᠪᠤᠩ ᠤᠨ ᠵᠠᠮ᠂ ᠬᠦᠭᠵᠢᠯ ᠴᠡᠴᠡᠭᠯᠡᠯ ᠤᠨ ᠵᠠᠮ᠂ ᠨᠡᠬᠡᠬᠡᠯᠳᠡ ᠬᠢᠬᠦ ᠵᠠᠮ᠂ ᠰᠢᠨᠡ ᠶᠢ | ᠡᠬᠦᠳᠬᠦ ᠵᠠᠮ᠂ ᠪᠤᠯᠪᠠᠰᠤᠨ ᠤ ᠵᠠᠮ ᠪᠤᠯᠭᠠᠨ ᠪᠦᠳᠦᠭᠡᠨ ᠪᠠᠶᠢᠭᠤᠯᠵᠥ ᠴᠢᠳᠠᠨᠠ ᠬᠡᠳᠡᠭ ᠢ ᠢᠳᠡᠬᠡᠵᠥ ᠪᠠᠶᠢᠨᠠ ᠭᠡᠵᠥ | ᠴᠢᠬᠤᠯᠠᠴᠢᠯᠠᠪᠠ᠃ ᠲᠤᠰ ᠡᠳᠤᠷ ᠤᠨ ᠦᠳᠡ ᠳᠤ᠂ ᠰᠢ ᠶᠢᠨ ᠫᠢᠩ ᠬᠤᠷᠠᠯ ᠳᠤ ᠤᠷᠤᠯᠴᠠᠭᠰᠠᠠ ᠤᠳᠤᠷᠢᠳᠬᠤ ᠬᠦᠮᠥᠰ ᠪᠤᠯᠤᠨ | ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠳ ᠲᠠᠢ ᠤᠯᠠᠨ ᠤᠯᠤᠰ ᠤᠨ ᠬᠤᠷᠠᠯ ᠤᠨ ᠲᠦᠪ ᠤᠨ | ᠪᠠᠷᠢᠯᠭᠠ ᠪᠠᠷ ᠠᠷᠤ ᠦᠵᠡᠭᠳᠡᠯ ᠪᠤᠯᠭᠠᠵᠥ ᠬᠠᠮᠳᠤ ᠶᠢᠨ ᠬᠡᠷᠡᠯ ᠵᠢᠷᠤᠭ ᠲᠠᠳᠠᠭᠤᠯᠪᠠ᠃ ᠸᠠᠩ ᠬᠤ᠋ ᠨᠢᠩ᠂ ᠸᠠᠩ ᠶᠠᠩ᠂ ᠯᠢ ᠵᠠᠨ | ᠱᠦ᠂ ᠶᠠᠩ ᠵᠢᠶᠧ ᠤᠤᠢ ᠨᠡᠷ ᠲᠡᠭᠡᠷᠡᠬᠢ ᠠᠵᠢᠯᠯᠠᠭᠠ ᠳᠤ ᠤᠷᠤᠯᠴᠠᠵᠠᠢ᠃ | |